Moekgo& folo_ oa foiedosoa O No^ oa Seeit oa GedegedO Heerilce) t

ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠤᠨ ᠦᠢᠯᠡ ᠠᠵᠢᠯᠯᠠᠭᠠᠨ ᠤ ᠨᠢᠭᠡ ᠬᠡᠰᠡᠭ ᠨᠢ ᠤᠯᠤᠰ ᠬᠣᠭᠣᠷᠣᠨᠳᠣ ᠶᠢᠨ ᠰᠤᠶᠤᠯ ᠤᠨ ᠬᠠᠷᠢᠯᠴᠠᠭᠠᠨ ᠤ ᠭᠣᠣᠯᠯᠠᠬᠤ ᠴᠢᠭᠯᠡᠯ ᠪᠣᠯᠤᠭᠰᠠᠨ ᠭᠠᠳᠠᠭᠠᠳᠤ ᠬᠠᠷᠢᠯᠴᠠᠭ᠎ᠠ ᠶᠤᠮ᠃
1924 ᠣᠨ ᠠᠴᠠ ᠲᠤᠰ ᠨᠣᠮ ᠤᠨ ᠰᠠᠩ ᠤᠨ ᠭᠠᠳᠠᠭᠠᠳᠤ ᠬᠠᠷᠢᠯᠴᠠᠭ᠎ᠠ ᠡᠬᠢᠯᠡᠭᠰᠡᠨ ᠪᠥᠭᠡᠳ 1991 ᠣᠨ ᠳᠤ ᠣᠯᠠᠨ ᠤᠯᠤᠰ ᠤᠨ ᠨᠣᠮ ᠤᠨ ᠰᠠᠩ ᠤᠨ ᠬᠣᠯᠪᠣᠭᠠᠨ ᠤ ᠭᠡᠰᠢᠭᠦᠨ ᠨᠣᠮ ᠤᠨ ᠰᠠᠩ ᠪᠣᠯᠤᠭᠰᠠᠨ᠃
ᠭᠠᠳᠠᠭᠠᠳᠤ ᠣᠷᠣᠨ ᠨᠤᠭᠤᠳ ᠤᠨ ᠨᠣᠮ ᠤᠨ ᠰᠠᠨᠤᠭ ᠤᠳ ᠲᠠᠢ ᠬᠠᠮᠲᠤ ᠶᠢᠨ ᠠᠵᠢᠯᠯᠠᠭᠠᠨ ᠤ ᠭᠡᠷ᠎ᠡ᠂ ᠬᠡᠯᠡᠯᠴᠡᠭᠡᠷ ᠪᠠᠶᠢᠭᠤᠯᠤᠨ ᠨᠣᠮ ᠤᠨ ᠰᠠᠩ ᠤᠨ ᠴᠢᠭᠯᠡᠯ ᠢᠶᠡᠷ ᠰᠡᠭᠦᠯ ᠦᠨ ᠦᠶ᠎ᠡ ᠳᠦ ᠭᠠᠷᠴᠤ ᠪᠤᠢ ᠰᠢᠨ᠎ᠡ ᠲᠧᠭᠨᠢᠭ ᠲᠧᠭᠨᠣᠯᠣᠭᠢ᠂ ᠰᠢᠨᠡᠯᠢᠭ ᠠᠷᠭ᠎ᠠ ᠪᠠᠷᠢᠯ᠂ ᠲᠤᠷᠰᠢᠯᠭ᠎ᠠ ᠬᠠᠷᠢᠯᠴᠠᠨ ᠰᠣᠯᠢᠯᠴᠠᠵᠤ᠂ ᠥᠪᠡᠷ ᠦᠨ ᠢᠶᠡᠨ ᠨᠣᠮ ᠤᠨ ᠰᠠᠩᠭᠠᠭ᠎ᠠ ᠲᠠᠨᠢᠭᠤᠯᠤᠨ ᠰᠤᠷᠲᠠᠯᠴᠢᠯᠠᠬᠤ᠂ ᠮᠡᠷᠭᠡᠵᠢᠯᠲᠡᠨ ᠪᠣᠯᠤᠨ ᠨᠣᠮ ᠬᠡᠪᠯᠡᠯ ᠰᠤᠯᠢᠯᠴᠠᠬᠤ ᠵᠡᠷᠭᠡ ᠪᠡᠷ ᠬᠠᠮᠲᠤ ᠶᠢᠨ ᠠᠵᠢᠯᠯᠠᠭ᠎ᠠ ᠶᠢ ᠪᠠᠨ ᠤᠯᠠᠮ ᠥᠷᠭᠡᠵᠢᠭᠦᠯᠦᠭᠰᠡᠭᠡᠷ ᠪᠠᠶᠢᠨ᠎ᠠ᠃
ᠵᠢᠱᠢᠶ᠎ᠡ ᠨᠢ᠂ ᠲᠦᠺ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠳᠡᠮᠵᠢᠯᠭᠡ ᠲᠡᠢ ᠪᠡᠷ ᠠᠲ᠋ᠠᠲᠦᠺ ᠤᠨ ᠨᠡᠷᠡᠮᠵᠢᠲᠦ ᠲᠦᠺ ᠤᠯᠤᠰ ᠤᠨ ᠮᠡᠳᠡᠭᠡᠯᠡᠯ ᠦᠨ ᠲᠥᠪ ᠢ 2005 ᠣᠨ ᠳᠤ᠂ ᠰᠣᠯᠣᠩᠭᠣᠰ ᠤᠨ ᠦᠨᠳᠦᠰᠦᠨ ᠦ ᠨᠣᠮ ᠤᠨ ᠰᠠᠩ᠂ ᠰᠣᠯᠣᠩᠭᠣᠰ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠳᠡᠮᠵᠢᠯᠭᠡ ᠲᠡᠢ 《ᠰᠣᠯᠣᠩᠭᠣᠰ ᠢ ᠬᠠᠷᠠᠬᠤ ᠴᠣᠩᠬᠣ》 ᠲᠥᠰᠥᠯ ᠦᠨ ᠬᠦᠷᠢᠶᠡᠨ ᠳᠦ ᠰᠣᠯᠣᠩᠭᠣᠰ ᠤᠯᠤᠰ ᠤᠨ ᠮᠡᠳᠡᠭᠡᠯᠡᠯ ᠦᠨ ᠲᠥᠪ ᠢ 2009 ᠣᠨ ᠳᠤ ᠲᠤᠰ ᠲᠤᠰ ᠨᠡᠭᠡᠭᠡᠭᠰᠡᠨ᠃
ᠮᠥᠨ ᠲᠡᠭᠦᠨᠴᠢᠯᠡᠨ᠂ ᠮᠠᠨ ᠤ ᠤᠯᠤᠰ ᠤᠨ ᠲᠡᠳᠦᠢ ᠦᠭᠡᠢ ᠪᠤᠰᠤᠳ ᠤᠯᠤᠰ ᠣᠷᠣᠨ ᠤ ᠲᠡᠦᠬᠡ᠂ ᠰᠤᠶᠤᠯ᠂ ᠵᠠᠩ ᠵᠠᠩᠰᠢᠯ ᠤᠨ ᠲᠠᠯᠠᠭᠠᠷᠬᠢ ᠪᠣᠯᠤᠨ ᠳᠡᠯᠡᠬᠡᠢ ᠶᠢᠨ ᠰᠢᠯᠢᠳᠡᠭ ᠨᠣᠮ ᠵᠣᠬᠢᠶᠠᠯ ᠢ ᠣᠯᠠᠨ ᠤ ᠬᠦᠷᠲᠡᠯ᠎ᠡ ᠪᠣᠯᠭᠠᠬᠤ ᠨᠢ ᠪᠢᠳᠡᠨ ᠦ ᠡᠭᠦᠷᠭᠡ ᠤᠴᠢᠷ ᠡᠨᠡ ᠴᠢᠭᠯᠡᠯ ᠦᠨ ᠨᠣᠮ ᠵᠣᠬᠢᠶᠠᠯ᠂ᠭᠠᠷ ᠪᠢᠴᠢᠮᠡᠯ ᠢ ᠪᠤᠰᠤᠳ ᠣᠷᠣᠨ ᠤ ᠨᠣᠮ ᠤᠨ ᠰᠠᠩᠭ᠎ᠠ ᠨᠤᠭᠤᠳ ᠠᠴᠠ ᠨᠣᠮ ᠰᠣᠯᠢᠯᠴᠠᠭᠠᠨ ᠤ ᠵᠢᠷᠤᠮ ᠢᠶᠠᠷ ᠠᠪᠴᠤ ᠤᠩᠰᠢᠭᠴᠢ ᠣᠯᠠᠨ ᠤ ᠬᠦᠷᠲᠡᠭᠡᠯ ᠪᠣᠯᠭᠠᠬᠤ ᠶᠢ ᠪᠢᠳᠡ ᠵᠣᠷᠢᠵᠤ ᠠᠵᠢᠯᠯᠠᠳᠠᠭ᠃
ᠡᠳᠡᠭᠡᠷ ᠡᠭᠦᠷᠭᠡ᠂ᠵᠣᠷᠢᠯᠭ᠎ᠠ ᠪᠠᠨ ᠪᠡᠶᠡᠯᠡᠭᠦᠯᠬᠦ ᠶᠢᠨ ᠲᠤᠯᠠᠳᠠ ᠥᠨᠥᠳᠥᠷ ᠦᠨ ᠪᠠᠶᠢᠳᠠᠯ ᠢᠶᠠᠷ ᠣᠷᠣᠰ ᠬᠣᠯᠪᠣᠭᠠᠨ ᠤ ᠤᠯᠤᠰ᠂ ᠶᠠᠫᠣᠨ᠂ ᠰᠣᠯᠣᠩᠭᠣᠰ᠂ ᠲᠠᠶᠢᠪᠠᠨᠢ᠂ ᠴᠧᠬ ᠵᠡᠷᠭᠡ 84 ᠭᠠᠷᠤᠢ ᠣᠷᠣᠨ ᠤ 113 ᠨᠣᠮ ᠤᠨ ᠰᠠᠩ᠂ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠲᠠᠢ ᠬᠠᠷᠢᠯᠴᠠᠭ᠎ᠠ ᠲᠣᠭᠲᠠᠭᠠᠨ ᠬᠠᠮᠲᠤᠷᠠᠨ ᠠᠵᠢᠯᠯᠠᠵᠤ ᠪᠠᠶᠢᠨ᠎ᠠ