foiedosoa O No^ oa Seeit oa SerKkEa JeseBrilelda

ᠦᠨᠳᠦᠰᠦᠨ ᠦ ᠨᠣᠮ ᠤᠨ ᠰᠠᠩ ᠨᠢ ᠭᠤᠷᠪᠠᠨ ᠰᠠᠶ᠎ᠠ ᠭᠠᠷᠤᠢ ᠨᠣᠮ᠂ ᠬᠡᠪᠯᠡᠯ ᠲᠡᠢ ᠪᠥᠭᠡᠳ ᠡᠭᠦᠨ ᠡᠴᠡ ᠨᠢᠭᠡ ᠰᠠᠶ᠎ᠠ ᠭᠠᠷᠤᠢ ᠨᠢ ᠮᠣᠩᠭᠣᠯ᠂ ᠲᠥᠪᠡᠳ᠂ ᠮᠠᠨᠵᠤ᠂ ᠭᠠᠷ ᠪᠢᠴᠢᠮᠡᠯ ᠮᠣᠳᠣᠨ ᠪᠠᠷᠰ ᠤᠨ ᠨᠣᠮ ᠶᠤᠮ᠃ ᠰᠤᠶᠤᠯ ᠤᠨ ᠦᠨᠡᠲᠦ ᠥᠪ ᠪᠣᠯᠬᠤ ᠨᠣᠮ ᠰᠤᠳᠤᠷ ᠤᠳ ᠨᠢ ᠬᠠᠳᠠᠭᠠᠯᠠᠯᠲᠠ ᠶᠢᠨ ᠭᠣᠷᠢᠮ ᠠᠯᠳᠠᠭᠳᠠᠬᠤ ᠪᠣᠯᠤᠨ ᠣᠨ ᠤᠳᠠᠭᠠᠨ ᠵᠢᠯ ᠦᠨ ᠠᠰᠢᠭᠯᠠᠯᠲᠠ ᠶᠢᠨ ᠶᠠᠪᠤᠴᠠ ᠳᠤ ᠬᠠᠳᠴᠤ ᠬᠠᠭᠤᠷᠠᠶᠢᠰᠢᠨ ᠬᠤᠭᠤᠷᠠᠵᠤ ᠭᠡᠮᠲᠦᠭᠰᠡᠨ᠂ ᠦᠢᠷᠴᠢ ᠤᠨᠠᠭᠰᠠᠨ᠂ ᠨᠤᠭᠤᠯᠤᠭᠠᠰᠤ ᠪᠠᠷ ᠢᠶᠠᠨ ᠤᠷᠤᠭᠳᠠᠭᠰᠠᠨ᠂ ᠲᠠᠰᠤᠷᠴᠢ ᠤᠨᠠᠭᠰᠠᠨ᠂ ᠨᠡᠮᠡᠯᠲᠡ ᠨᠠᠭᠠᠯᠲᠠ ᠨᠤᠭᠤᠳ ᠨᠢ ᠰᠠᠯᠵᠤ ᠠᠯᠠᠭ᠎ᠠ ᠪᠣᠯᠤᠭᠰᠠᠨ᠂ ᠦᠭᠡ ᠦᠰᠦᠭ ᠨᠢ ᠬᠣᠪᠬᠣᠷᠴᠢ ᠨᠠᠭᠠᠯᠳᠤᠭᠰᠠᠨ᠂ ᠤᠰᠤᠨ ᠭᠡᠮᠲᠦᠯ ᠦᠨ ᠤᠯᠠᠮ ᠠᠴᠠ ᠰᠢᠷ᠎ᠠ ᠲᠣᠯᠪᠣ ᠰᠠᠭᠤᠭᠰᠠᠨ ᠵᠡᠷᠭᠡ ᠮᠠᠰᠢ ᠣᠯᠠᠨ ᠲᠥᠷᠥᠯ ᠦᠨ ᠭᠡᠮᠲᠦᠯ ᠦᠳ ᠲᠦ ᠥᠷᠲᠥᠵᠦ ᠪᠠᠶᠢᠨ᠎ᠠ᠃ ᠪᠢᠴᠢᠭ ᠦᠰᠦᠭ ᠦᠨ ᠳᠤᠷᠠᠰᠬᠠᠯ ᠤᠨ ᠨᠢᠭᠡ ᠬᠡᠯᠪᠡᠷᠢ ᠪᠣᠯᠬᠤ ᠴᠠᠭᠠᠰᠤᠨ ᠥᠪ ᠨᠢ ᠪᠤᠰᠤᠳ ᠰᠤᠶᠤᠯ ᠤᠨ ᠥᠪ ᠡᠴᠡ ᠠᠭᠤᠯᠵᠤ ᠪᠠᠶᠢᠭ᠎ᠠ ᠮᠡᠳᠡᠭᠡᠯᠡᠯ ᠢᠶᠡᠷ ᠶᠡᠬᠡ᠂ ᠣᠯᠠᠨ ᠬᠤᠪᠢ᠂ ᠮᠠᠲ᠋ᠧᠷᠢᠶᠠᠯ ᠤᠨ ᠬᠤᠪᠢ ᠳᠤ ᠭᠡᠮᠲᠦᠬᠦ ᠳᠦ ᠬᠢᠯᠪᠠᠷ ᠲᠤᠯᠠ ᠴᠠᠭᠠᠰᠤᠨ ᠥᠪ ᠦᠨ ᠬᠠᠳᠠᠭᠠᠯᠠᠯᠲᠠ᠂ ᠬᠠᠮᠠᠭᠠᠯᠠᠯᠲᠠ ᠶᠢᠨ ᠣᠷᠴᠢᠨ ᠢ ᠬᠡᠪ ᠦᠨ ᠬᠡᠮᠵᠢᠶᠡᠨ ᠳᠦ ᠪᠠᠶᠢᠯᠭᠠᠬᠤ᠂ ᠭᠡᠮᠲᠦᠯ ᠡᠭᠦᠰᠦᠭᠰᠡᠨ ᠪᠠᠷᠢᠮᠲᠠ ᠶᠢᠨ ᠲᠡᠦᠬᠡ ᠶᠢᠨ ᠦᠨ᠎ᠡ ᠴᠢᠨ ᠢ ᠠᠯᠳᠠᠭᠳᠠᠭᠤᠯᠬᠤ ᠦᠭᠡᠢ ᠪᠡᠷ ᠬᠠᠳᠠᠭᠠᠯᠠᠵᠤ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ ᠵᠠᠶᠢᠯᠠᠰᠢ ᠦᠭᠡᠢ ᠱᠠᠭᠠᠷᠳᠠᠯᠭ᠎ᠠ ᠤᠷᠭᠤᠨ ᠭᠠᠷᠳᠠᠭ᠃ ᠡᠭᠦᠨ ᠦ ᠦᠨᠳᠦᠰᠦᠨ ᠳᠡᠭᠡᠷ᠎ᠡ ᠪᠢᠳᠡ ᠳᠠᠷᠠᠭᠠᠬᠢ ᠠᠵᠢᠯ ᠤᠳ ᠢ ᠬᠢᠵᠦ ᠭᠦᠢᠴᠡᠳᠬᠡᠯ ᠢᠶᠡᠨ᠃ ᠡᠭᠦᠨ ᠳᠦ ᠄

SerKkEa JeseBrileeeO LeBreDorI iia foiedosO SegorI iI Delbueesea

 

ᠳᠡᠯᠡᠬᠡᠢ ᠶᠢᠨ ᠲᠣᠮᠣᠬᠠᠨ ᠨᠣᠮ ᠤᠨ ᠰᠠᠩᠭ᠎ᠠ ᠨᠤᠭᠤᠳ ᠳᠡᠷᠭᠡᠳᠡ ᠪᠡᠨ ᠰᠡᠷᠭᠦᠭᠡᠨ ᠵᠠᠰᠠᠪᠤᠷᠢᠯᠠᠯᠲᠠ ᠶᠢᠨ ᠪᠥᠷᠢᠨ ᠲᠣᠨᠣᠭᠯᠠᠭᠳᠠᠭᠰᠠᠨ ᠮᠡᠷᠭᠡᠵᠢᠯ ᠦᠨ ᠯᠠᠪᠣᠷᠠᠲ᠋ᠣᠷᠢ ᠲᠠᠢ᠂ ᠴᠢᠳᠠᠪᠤᠷᠢᠯᠢᠭ ᠪᠣᠯᠪᠠᠰᠤᠨ ᠬᠦᠴᠦᠨ ᠨᠦᠭᠦᠳ ᠢᠶᠡᠷ ᠪᠠᠭ᠎ᠠ ᠪᠠᠨ ᠪᠦᠷᠢᠳᠦᠭᠦᠯᠦᠨ ᠠᠵᠢᠯᠯᠠᠳᠠᠭ ᠵᠢᠱᠢᠭ ᠦᠨ ᠳᠠᠭᠠᠤ ᠮᠠᠨ ᠤ ᠨᠣᠮ ᠤᠨ ᠰᠠᠩ ᠦᠨᠳᠦᠰᠦᠨ ᠦ ᠬᠡᠮᠵᠢᠶᠡᠨ ᠳᠦ ᠦᠢᠯᠡ ᠠᠵᠢᠯᠯᠠᠭ᠎ᠠ ᠶᠠᠪᠤᠭᠤᠯᠳᠠᠭ ᠤᠨ ᠬᠤᠪᠢ ᠳᠤ ᠣᠷᠴᠢᠨ ᠦᠶ᠎ᠡ ᠶᠢᠨ ᠪᠠᠭᠠᠵᠢ ᠬᠡᠷᠡᠭᠰᠡᠯ᠂ ᠲᠣᠨᠣᠭ ᠲᠥᠬᠦᠭᠡᠷᠦᠮᠵᠢ ᠪᠦᠬᠦᠢ ᠰᠡᠷᠭᠦᠭᠡᠨ ᠵᠠᠰᠠᠪᠤᠷᠢᠯᠠᠬᠤ ᠯᠠᠪᠣᠷᠠᠲ᠋ᠣᠷᠢ ᠲᠠᠢ ᠪᠣᠯᠬᠤ ᠵᠠᠶᠢᠯᠠᠰᠢ ᠦᠭᠡᠢ ᠱᠠᠭᠠᠷᠳᠠᠯᠭ᠎ᠠ ᠭᠠᠷᠴᠤ ᠢᠷᠡᠭᠰᠡᠨ᠃ ᠡᠭᠦᠨ ᠡᠴᠡ ᠤᠯᠪᠠᠭᠠᠯᠠᠨ ᠪᠢᠳᠡ ᠪᠣᠯᠪᠠᠰᠤᠷᠠᠯ ᠂ ᠰᠤᠶᠤᠯ ᠂ ᠰᠢᠨᠵᠢᠯᠡᠬᠦ ᠤᠬᠠᠭᠠᠨ ᠤ ᠶᠠᠮᠤ ᠪᠣᠯᠤᠨ ᠰᠣᠶᠣᠯ ᠰᠫᠥᠷᠲ ᠡᠠᠶᠡᠯᠡᠯ ᠵᠢᠭᠣᠴᠢᠯᠡᠯ  ᠣᠠ ᠶᠡᠮᠥᠠ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠡᠮᠵᠢᠯᠭᠡ ᠲᠡᠢ ᠪᠡᠷ ᠰᠡᠷᠭᠦᠭᠡᠨ ᠵᠠᠰᠠᠪᠤᠷᠢᠯᠠᠬᠤ ᠯᠠᠪᠤᠷᠠᠲ᠋ᠣᠷᠢ ᠶᠢᠨ ᠦᠨᠳᠦᠰᠦ ᠰᠠᠭᠤᠷᠢ ᠶᠢ ᠲᠠᠯᠪᠢᠵᠤ᠂ ᠲᠧᠭᠨᠢᠭ ᠲᠣᠨᠣᠭ ᠲᠥᠬᠥᠭᠡᠷᠦᠮᠵᠢ ᠪᠣᠯᠤᠨ ᠪᠠᠭᠠᠵᠢ ᠬᠡᠷᠡᠭᠰᠡᠯ᠂ ᠮᠠᠲ᠋ᠧᠷᠢᠶᠠᠯ ᠴᠠᠭᠠᠰᠤ ᠵᠡᠷᠭᠡ ᠪᠡᠷ ᠲᠣᠬᠢᠵᠢᠭᠤᠯᠵᠤ ᠴᠢᠳᠠᠭᠰᠠᠨ᠃


No^ Sodo* oa Hedegelelda Hemegelelda iI JokueeO kEmjiyea dO Seiijiregoloeesea

ᠴᠠᠭᠠᠰᠤᠨ ᠪᠠᠷᠢᠮᠲᠠᠲᠤ ᠥᠪ ᠦᠨ ᠬᠠᠳᠠᠭᠠᠯᠠᠯᠲᠠ᠂ ᠬᠠᠮᠠᠭᠠᠯᠠᠯᠲᠠ ᠶᠢᠨ ᠣᠷᠴᠢᠨ ᠢ ᠬᠡᠪ ᠦᠨ ᠬᠡᠮᠵᠢᠶᠡᠨ ᠳᠦ ᠪᠠᠶᠢᠯᠭᠠᠬᠤ᠂ ᠭᠡᠮᠲᠦᠯ ᠡᠭᠦᠰᠦᠭᠰᠡᠨ ᠪᠠᠷᠢᠮᠲᠠ ᠶᠢᠨ ᠲᠡᠦᠬᠡ ᠶᠢᠨ ᠦᠨ᠎ᠡ ᠴᠢᠨ ᠢ ᠠᠯᠳᠠᠭᠳᠠᠭᠤᠯᠬᠤ ᠦᠭᠡᠢ ᠪᠡᠷ ᠬᠠᠳᠠᠭᠠᠯᠠᠵᠤ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ ᠨᠢ ᠪᠠᠷᠢᠮᠲᠠᠲᠤ ᠥᠪ ᠦᠨ ᠬᠠᠳᠠᠭᠠᠯᠠᠯᠲᠠ ᠶᠢᠨ ᠬᠤᠭᠤᠴᠠᠭ᠎ᠠ ᠶᠢ ᠤᠷᠲᠤᠰᠬᠠᠬᠤ᠂ ᠰᠤᠳᠤᠯᠭ᠎ᠠ᠂ ᠰᠢᠨᠵᠢᠯᠡᠭᠡᠨ ᠦ ᠡᠷᠭᠢᠯᠲᠡᠨ ᠳᠦ ᠣᠷᠣᠭᠤᠯᠵᠤ᠂ ᠨᠡᠶᠢᠲᠡ ᠳᠦ ᠲᠦᠭᠡᠭᠡᠨ ᠳᠡᠯᠭᠡᠷᠡᠭᠦᠯᠬᠦ ᠪᠣᠯᠤᠮᠵᠢ ᠶᠢ ᠪᠦᠷᠢᠳᠦᠭᠦᠯᠳᠡᠭ ᠪᠢᠯᠡ᠃ ᠲᠡᠶᠢᠮᠦ ᠡᠴᠡ ᠪᠢᠳᠡ ᠬᠠᠳᠠᠭᠠᠯᠠᠯᠲᠠ ᠬᠠᠮᠠᠭᠠᠯᠠᠯᠲᠠ ᠶᠢᠨ ᠠᠰᠠᠭᠤᠳᠠᠯ ᠳᠤ ᠣᠨᠴᠠᠭᠠᠢ ᠠᠩᠬᠠᠷᠴᠤ ᠳᠠᠷᠠᠭᠠᠬᠢ ᠠᠵᠢᠯ ᠤᠳ ᠢ ᠬᠢᠵᠦ ᠭᠦᠢᠴᠡᠳᠬᠡᠯ ᠢᠶᠡᠨ᠃ ᠡᠭᠦᠨ ᠳᠦ ᠄
- ᠬᠡᠲᠦ ᠶᠡᠬᠡ ᠬᠠᠭᠤᠷᠠᠶᠢᠰᠢᠯᠲᠠ ᠲᠠᠢ᠂ ᠬᠦᠮᠦᠨ ᠦ ᠭᠠᠷ ᠬᠦᠷᠬᠦ ᠳᠦ ᠬᠡᠪᠡᠷᠡᠭ ᠵᠠᠷᠢᠮ ᠨᠣᠮ ᠤᠳ ᠢ ᠸᠠᠺᠦᠶᠢᠮᠤᠵᠢᠭᠤᠯᠤᠭᠰᠠᠨ᠃ ᠢᠩᠭᠢᠭᠰᠡᠨ ᠢᠶᠡᠷ ᠲᠤᠬᠠᠢ ᠶᠢᠨ ᠪᠠᠷᠢᠮᠲᠠ ᠶᠢ ᠲᠣᠭᠣᠰᠣ ᠰᠢᠷᠤᠶᠢᠨ ᠳᠤ ᠳᠠᠷᠤᠭᠳᠠᠬᠤ᠂ ᠰᠢᠪᠠᠵᠢ ᠬᠣᠷᠣᠬᠠᠢ ᠳᠤ ᠢᠳᠡᠭ ᠲᠦ ᠬᠢ᠂ ᠦᠶᠡᠷ ᠤᠰᠤᠨ ᠳᠤ ᠠᠪᠲᠠᠭᠳᠠᠬᠤ ᠵᠡᠷᠭᠡ ᠭᠡᠮᠲᠦᠯ ᠦᠳ ᠲᠦ ᠥᠷᠲᠦᠬᠦ ᠡᠴᠡ ᠰᠡᠷᠭᠡᠶᠢᠯᠡᠵᠦ ᠤᠳᠠᠭᠠᠨ ᠬᠤᠭᠤᠴᠠᠭᠠᠨ ᠳᠤ ᠬᠠᠳᠠᠭᠠᠯᠠᠬᠤ ᠪᠣᠯᠤᠮᠵᠢ ᠶᠢ ᠪᠦᠷᠢᠳᠦᠭᠦᠯᠵᠦ ᠥᠭᠴᠦ ᠪᠠᠶᠢᠭ᠎ᠠ ᠬᠡᠷᠡᠭ ᠶᠤᠮ᠃
- ᠪᠣᠯᠭᠣᠮᠠᠯ ᠬᠠᠷ᠎ᠠ ᠴᠠᠭᠠᠰᠤᠨ ᠳᠡᠭᠡᠷ᠎ᠡ ᠠᠯᠲᠠ᠂ ᠮᠥᠩᠭᠥ᠂ ᠶᠢᠰᠦᠨ ᠡᠷᠳᠡᠨᠢ ᠪᠡᠷ ᠪᠢᠴᠢᠭᠰᠡᠨ ᠭᠠᠨᠵᠤᠤᠷ ᠰᠤᠳᠤᠷ ᠤᠨ ᠬᠠᠭᠤᠳᠠᠰᠤ ᠪᠦᠷᠦᠢ ᠶᠢᠨ ᠵᠠᠪᠰᠠᠷ ᠲᠤ ᠬᠣᠭᠣᠷᠣᠨᠳᠣ ᠶᠢᠨ ᠦᠷᠢᠯᠲᠦ ᠡᠴᠡ ᠬᠠᠮᠠᠭᠠᠯᠠᠭᠰᠠᠨ ᠵᠣᠷᠢᠭᠤᠯᠤᠯᠲᠠ ᠶᠢᠨ ᠬᠦᠴᠢᠯᠯᠢᠭ ᠭᠦᠢ ᠴᠠᠭᠠᠰᠤ ᠬᠠᠪᠴᠢᠭᠤᠯᠬᠤ ᠠᠵᠢᠯ ᠬᠢᠭᠳᠡᠭᠰᠡᠨ ᠪᠥᠭᠡᠳ ᠡᠭᠦᠨ ᠢ ᠬᠡᠶᠢᠰᠦᠨ ᠢᠶᠡᠷ ᠬᠠᠳᠠᠭᠠᠯᠠᠯᠲᠠ ᠬᠠᠮᠠᠭᠠᠯᠠᠯᠲᠠ ᠶᠢᠨ ᠨᠥᠬᠥᠴᠡᠯ ᠪᠠᠶᠢᠳᠠᠯ ᠢ ᠰᠠᠶᠢᠵᠢᠷᠠᠭᠤᠯᠤᠨ᠂ ᠴᠢᠨᠠᠭᠰᠢᠳᠠ ᠨᠡᠮᠡᠯᠲᠡ ᠭᠡᠮᠲᠦᠯ ᠡᠭᠦᠰᠬᠦ ᠶᠠᠪᠤᠴᠠ ᠶᠢ ᠪᠠᠭᠤᠷᠠᠭᠤᠯᠤᠭᠰᠠᠨ᠃
- ᠰᠡᠷᠭᠦᠭᠡᠨ ᠵᠠᠰᠠᠪᠤᠷᠢᠯᠠᠭᠰᠠᠨ ᠨᠣᠮ ᠨᠢᠭᠡ ᠪᠦᠷᠢ ᠳᠦ ᠲᠧᠭᠨᠣᠯᠣᠭᠢ ᠶᠢᠨ ᠺᠠᠷᠲᠤᠵᠢᠭᠤᠯᠤᠯᠲᠠ ᠬᠥᠲᠥᠯᠦᠨ᠂ ᠲᠡᠭᠦᠨ ᠳᠦ ᠲᠣᠬᠢᠷᠠᠬᠤ ᠬᠠᠶᠢᠷᠴᠠᠭ᠂ ᠳᠤᠭᠲᠤᠢ ᠬᠢᠵᠦ ᠪᠠᠶᠢᠨ᠎ᠠ᠃

frdea O Ge*bujime& Bloa bE* oa No^ Sodo* I SerKkEa JeseBrileeeO feji& I Dekua fkuleKloksea

3.ᠰᠡᠷᠭᠦᠭᠡᠨ ᠵᠠᠰᠠᠪᠤᠷᠢᠯᠠᠯᠲᠠ ᠭᠡᠳᠡᠭ ᠨᠢ ᠪᠠᠷᠢᠮᠲᠠ ᠶᠢᠨ ᠬᠠᠳᠠᠭᠠᠯᠠᠯᠲᠠ ᠶᠢᠨ ᠬᠤᠭᠤᠴᠠᠭ᠎ᠠ ᠶᠢ ᠤᠷᠲᠤᠰᠬᠠᠵᠤ᠂ ᠳᠠᠬᠢᠨ ᠨᠡᠮᠡᠯᠲᠡ ᠭᠡᠮᠲᠦᠯ ᠡᠭᠦᠰᠬᠦ ᠡᠴᠡ ᠤᠷᠢᠳᠴᠢᠯᠠᠨ ᠰᠡᠷᠭᠡᠶᠢᠯᠡᠵᠦ᠂ ᠲᠡᠳᠡᠭᠡᠷ ᠢ ᠰᠤᠳᠤᠯᠭ᠎ᠠ ᠰᠢᠨᠵᠢᠯᠡᠭᠡᠨ ᠦ ᠡᠷᠭᠢᠯᠲᠡᠨ ᠳᠦ ᠣᠷᠣᠭᠤᠯᠵᠤ ᠤᠩᠰᠢᠭᠴᠢ ᠰᠤᠳᠤᠯᠤᠭᠠᠴᠢᠳ ᠤᠨ ᠬᠦᠷᠲᠡᠭᠡᠯ ᠪᠣᠯᠭᠠᠨ᠂ ᠬᠣᠶᠢᠴᠢ ᠦᠶᠡᠳᠡᠭᠡ ᠥᠪᠯᠡᠭᠦᠯᠦᠨ ᠦᠯᠡᠳᠡᠭᠡᠬᠦ ᠵᠣᠷᠢᠯᠭ᠎ᠠ ᠲᠠᠢ ᠪᠠᠷ ᠬᠢᠭᠳᠡᠳᠡᠭ᠃ ᠪᠢᠳᠡ ᠰᠡᠷᠭᠦᠭᠡᠨ ᠵᠠᠰᠠᠪᠤᠷᠢᠯᠠᠬᠤ ᠠᠵᠢᠯ ᠢ ᠡᠬᠢᠯᠡᠭᠦᠯᠬᠦ ᠶᠢᠨ ᠡᠮᠦᠨ᠎ᠡ ᠦᠨᠳᠦᠰᠦᠨ ᠦ ᠨᠣᠮ ᠤᠨ ᠰᠠᠩ ᠤᠨ ᠭᠠᠷ ᠪᠢᠴᠢᠮᠡᠯ᠂ ᠮᠣᠩᠭᠣᠯ ᠰᠤᠳᠤᠯᠤᠯ ᠤᠨ ᠨᠣᠮ ᠤᠨ ᠹᠣᠨᠳ᠋᠂ ᠦᠨᠡᠲᠦ ᠬᠣᠪᠣᠷ ᠨᠣᠮ ᠤᠨ ᠮᠦᠽᠧᠢ ᠪᠣᠯᠤᠨ ᠲᠥᠪᠡᠳ ᠨᠣᠮ ᠤᠨ ᠹᠣᠨᠳᠣᠳ ᠬᠠᠳᠠᠭᠠᠯᠠᠭᠳᠠᠵᠤ ᠪᠤᠢ ᠨᠣᠮ ᠰᠤᠳᠤᠷ ᠠᠴᠠ ᠨᠡᠩ ᠲᠡᠷᠢᠭᠦᠨ ᠳᠦ ᠰᠡᠷᠭᠦᠭᠡᠨ ᠵᠠᠰᠠᠪᠤᠷᠢᠯᠠᠬᠤ ᠱᠠᠭᠠᠷᠳᠠᠯᠭ᠎ᠠ ᠲᠠᠢ 67ᠨᠣᠮ ᠰᠤᠳᠤᠷ ᠤᠨ ᠨᠡᠷᠡᠰ ᠦᠨ ᠵᠢᠭᠰᠠᠭᠠᠯᠲᠠ ᠭᠠᠷᠭᠠᠨ᠂ ᠭᠡᠮᠲᠦᠯ ᠢ ᠲᠣᠳᠣᠷᠬᠠᠶᠢᠯᠠᠨ᠂ ᠲᠡᠳᠡᠭᠡᠷ ᠢ ᠰᠡᠷᠭᠦᠭᠡᠨ ᠵᠠᠰᠠᠪᠤᠷᠢᠯᠠᠵᠤ ᠪᠠᠶᠢᠨ᠎ᠠ᠃
ᠵᠢᠱᠢᠶ᠎ᠡ ᠪᠣᠯᠭᠠᠨ ᠨᠢᠭᠡ ᠪᠠᠷᠢᠮᠲᠠ ᠶᠢᠨ ᠰᠡᠷᠭᠦᠭᠡᠨ ᠵᠠᠰᠠᠪᠤᠷᠢᠯᠠᠬᠤ ᠠᠴᠠ ᠡᠮᠦᠨᠡᠬᠢ ᠪᠣᠯᠤᠨ ᠳᠠᠷᠠᠭ᠎ᠠ ᠦᠶ᠎ᠡ ᠶᠢᠨ ᠵᠢᠷᠤᠭ ᠢ ᠣᠷᠣᠭᠤᠯᠤᠯ᠎ᠠ᠃

SerKkEa JeseBrileeecioa I foiI t ZedO DeI bE* Sorgelda dO Hemoregoloeesea
4. ᠰᠡᠷᠭᠦᠭᠡᠨ ᠵᠠᠰᠠᠪᠤᠷᠢᠯᠠᠭᠴᠢᠳ ᠢ ᠦᠶ᠎ᠡ ᠱᠠᠲᠤ ᠲᠠᠢ ᠪᠠᠷ ᠰᠤᠷᠭᠠᠯᠲᠠᠨ ᠳᠤ ᠬᠠᠮᠤᠷᠤᠭᠤᠯᠤᠭᠰᠠᠨ᠃
ᠰᠤᠶᠤᠯ ᠤᠨ ᠥᠪ ᠢ ᠰᠡᠷᠭᠦᠭᠡᠨ ᠵᠠᠰᠠᠪᠤᠷᠢᠯᠠᠬᠤ ᠳᠤ ᠪᠠᠨ ᠲᠤᠬᠠᠢ ᠶᠢᠨ ᠥᠪ ᠦᠨ ᠦᠨᠡᠲᠦ ᠵᠦᠢᠯᠡᠰ ᠢ ᠬᠠᠳᠠᠭᠠᠯᠠᠬᠤ᠂ ᠥᠩᠭᠡ ᠬᠡᠯᠪᠡᠷᠢ ᠲᠥᠷᠬᠥ ᠶᠢ ᠦᠯᠦ ᠡᠪ ᠲᠦ ᠬᠢ᠂ ᠲᠡᠭᠦᠨ ᠢ ᠠᠶᠤᠯ ᠦᠭᠡᠢ ᠤᠷᠲᠤ ᠤᠳᠠᠭᠠᠨ ᠬᠠᠳᠠᠭᠠᠯᠠᠬᠤ ᠨᠥᠬᠥᠴᠡᠯ ᠢ ᠬᠠᠩᠭᠠᠬᠤ ᠵᠡᠷᠭᠡ ᠵᠠᠷᠴᠢᠮ ᠤᠳ ᠢ ᠪᠠᠷᠢᠮᠲᠠᠯᠠᠨ ᠠᠵᠢᠯᠯᠠᠬᠤ ᠶᠣᠰᠣᠲᠠᠢ᠃ ᠢᠩᠭᠢᠬᠦ ᠶᠢᠨ ᠲᠤᠯᠠᠳᠠ ᠰᠡᠷᠭᠦᠭᠡᠨ ᠵᠠᠰᠠᠪᠤᠷᠢᠯᠠᠭᠴᠢ ᠠᠴᠠ ᠮᠡᠷᠭᠡᠵᠢᠯ ᠦᠨ ᠥᠨᠳᠦᠷ ᠤᠷ᠎ᠠ ᠴᠢᠳᠠᠪᠤᠷᠢ ᠱᠠᠭᠠᠷᠳᠠᠨ᠎ᠠ᠃ ᠬᠡᠳᠦᠢ ᠪᠡᠷ ᠮᠠᠨ ᠤ ᠤᠯᠤᠰ ᠲᠤ ᠮᠡᠷᠭᠡᠵᠢᠯ ᠦᠨ ᠰᠡᠷᠭᠦᠭᠡᠨ ᠵᠠᠰᠠᠪᠤᠷᠢᠯᠠᠭᠴᠢᠳ ᠢ ᠪᠡᠯᠡᠳᠬᠡᠳᠡᠭ᠂ ᠤᠷ᠎ᠠ ᠴᠢᠳᠠᠪᠤᠷᠢ ᠣᠯᠭᠤᠳᠠᠭ ᠪᠣᠯᠪᠠᠰᠤᠷᠠᠯ ᠤᠨ ᠲᠣᠭᠲᠠᠯᠴᠠᠭ᠎ᠠ ᠪᠠᠶᠢᠬᠤ ᠦᠭᠡᠢ ᠪᠣᠯᠪᠠᠴᠤ ᠪᠢᠳᠡ ᠬᠡᠷᠡᠭᠵᠢᠭᠦᠯᠦᠭᠰᠡᠨ ᠲᠥᠰᠥᠯ ᠦᠨ ᠬᠦᠷᠢᠶᠡᠨ ᠳᠦ ᠭᠠᠳᠠᠭᠠᠳᠤ ᠣᠷᠣᠨ ᠤ ᠰᠡᠷᠭᠦᠭᠡᠨ ᠵᠠᠰᠠᠪᠤᠷᠢᠯᠠᠬᠤ ᠯᠠᠪᠤᠷᠠᠲ᠋ᠣᠷᠢ ᠨᠤᠭᠤᠳ ᠲᠤ ᠰᠡᠷᠭᠦᠭᠡᠨ ᠵᠠᠰᠠᠪᠤᠷᠢᠯᠠᠭᠴᠢ ᠳᠤ ᠪᠠᠨ ᠦᠶ᠎ᠡ ᠱᠠᠲᠤ ᠲᠠᠢ ᠪᠠᠷ ᠪᠡᠯᠡᠳᠬᠡᠨ ᠰᠤᠷᠭᠠᠵᠤ ᠪᠠᠶᠢᠨ᠎ᠠ᠃ ᠲᠡᠭᠦᠨ ᠡᠴᠡ ᠭᠠᠳᠠᠨ᠎ᠠ ᠭᠠᠳᠠᠭᠠᠳᠤ ᠶᠢᠨ ᠮᠡᠷᠭᠡᠵᠢᠯᠲᠡᠨ ᠪᠠᠭᠰᠢ ᠨᠠᠷ ᠢ ᠡᠬᠡ ᠣᠷᠣᠨ ᠳᠤ ᠪᠠᠨ ᠤᠷᠢᠵᠤ ᠠᠪᠴᠢᠷᠠᠨ᠂ ᠲᠡᠳᠡᠨ ᠡᠴᠡ ᠰᠤᠷᠤᠯᠴᠠᠬᠤ᠂ ᠳᠠᠳᠤᠯᠭᠠᠵᠢᠬᠤ᠂ ᠰᠤᠷᠭᠠᠯᠲᠠᠨ ᠳᠤ ᠣᠷᠣᠯᠴᠠᠵᠤ ᠪᠤᠢ ᠪᠤᠰᠤᠳ ᠪᠠᠶᠢᠭᠤᠯᠤᠯᠭ᠎ᠠ ᠶᠢᠨ ᠮᠡᠷᠭᠡᠵᠢᠯᠲᠡᠨ ᠨᠦᠭᠦᠳ ᠡᠴᠡ ᠬᠠᠷᠢᠯᠴᠠᠨ ᠲᠤᠷᠰᠢᠯᠭ᠎ᠠ ᠰᠣᠯᠢᠯᠴᠠᠬᠤ ᠬᠠᠮᠲᠤ ᠶᠢᠨ ᠰᠤᠷᠭᠠᠯᠲᠠ ᠶᠢ ᠵᠣᠬᠢᠶᠠᠨ ᠪᠠᠶᠢᠭᠤᠯᠵᠤ ᠠᠵᠢᠯᠯᠠᠯ᠎ᠠ᠃